ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠦᠨ ᠬᠠᠤᠯᠢ
1987 ᠣᠨ ᠤ 9 ᠰᠠᠷ᠎ᠠ ᠶᠢᠨ 5   ᠤ ᠡᠳᠦᠷ ᠵᠢᠷᠭᠤᠭᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ
ᠶᠡᠬᠡ ᠬᠤᠷᠠᠯ ᠪᠠᠶᠢᠩᠭᠤ ᠶᠢᠨ ᠬᠣᠷᠢᠶᠠᠨ ᠤ ᠬᠣᠷᠢᠨ ᠬᠣᠶᠠᠳᠤᠭᠠᠷ ᠤᠳᠠᠭᠠᠨ ᠤ ᠬᠤᠷᠠᠯ ᠳᠠᠮᠵᠢᠨ
     ᠶᠠᠪᠤᠭᠳᠠᠪᠠ᠃ 1996 ᠣᠨ ᠤ 7 ᠰᠠᠷ᠎ᠠ ᠶᠢᠨ 5  ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠦᠨ
ᠶᠡᠬᠡ ᠬᠤᠷᠠᠯ ᠪᠠᠶᠢᠩᠭᠤ ᠶᠢᠨ ᠬᠣᠷᠢᠶᠠᠨ ᠤ ᠬᠣᠷᠢᠳᠤᠭᠠᠷ ᠤᠳᠠᠭᠠᠨ ᠤ ᠬᠤᠷᠠᠯ ︽ < ᠪᠦᠭᠦᠳᠡ ᠨᠠᠶᠢᠷᠠᠮᠳᠠᠬᠤ
ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠦᠨ ᠬᠠᠤᠯᠢ >  ᠶᠢᠨ ᠲᠤᠬᠠᠢ ᠵᠠᠰᠠᠬᠤ ᠰᠢᠢᠳᠪᠦᠷᠢ ︾  ᠶᠢ
ᠦᠨᠳᠦᠰᠦᠯᠡᠨ ᠵᠠᠰᠠᠪᠤᠷᠢᠯᠠᠪᠠ᠃ ᠨᠢᠭᠡᠳᠦᠭᠡᠷ ᠪᠦᠯᠦᠭ ᠶᠡᠷᠦᠩᠬᠡᠢ
     ᠳᠦᠷᠢᠮ ᠨᠢᠭᠡᠳᠦᠭᠡᠷ ᠵᠣᠷᠪᠤᠰ ᠳᠠᠩᠰᠠ ᠡᠪᠬᠡᠮᠡᠯ ᠦᠨ ᠲᠤᠬᠠᠢ ᠬᠠᠮᠢᠶᠠᠷᠬᠤ ᠪᠣᠯᠣᠨ ᠴᠤᠭᠯᠠᠭᠤᠯᠬᠤ᠂ ᠲᠡᠭᠰᠢᠯᠡᠬᠦ
ᠠᠵᠢᠯ᠂ ᠲᠤᠰᠠᠲᠠᠢ ᠵᠠᠷᠤᠴᠠ ᠬᠠᠮᠠᠭᠠᠯᠠᠬᠤ ᠪᠣᠯᠣᠨ ᠠᠰᠢᠭᠯᠠᠬᠤ  ᠶᠢ ᠴᠢᠩᠭᠠᠳᠭᠠᠬᠤ  ᠶᠢᠨ ᠲᠦᠯᠦᠭᠡ᠂
ᠨᠡᠶᠢᠭᠡᠮ ᠵᠢᠷᠦᠮ ᠣᠳᠣᠬᠢᠴᠢᠯᠠᠬᠤ ᠪᠦᠲᠦᠭᠡᠨ ᠪᠠᠶᠢᠭᠤᠯᠤᠯᠲᠠ  ᠶᠢᠨ ᠦᠢᠯᠡᠴᠢᠯᠡᠭᠡ  ᠶᠢᠨ ᠲᠦᠯᠦᠭᠡ
ᠲᠤᠰ ᠬᠠᠤᠯᠢ ᠶᠢ
     ᠲᠣᠭᠲᠠᠭᠠᠪᠠ᠃ ᠬᠣᠶᠠᠳᠤᠭᠠᠷ ᠵᠣᠷᠪᠤᠰ ᠲᠤᠰ ᠬᠠᠤᠯᠢ ᠳ᠋ᠦ ᠦᠨᠳᠦᠰᠦᠯᠡᠭᠰᠡᠨ ᠳᠠᠩᠰᠠ ᠡᠪᠬᠡᠮᠡᠯ ᠪᠣᠯ ᠦᠩᠭᠡᠷᠡᠭᠰᠡᠨ ᠪᠠ
ᠣᠳᠣᠬᠢ ᠶᠢᠨ ᠤᠯᠤᠰ  ᠤᠨ ᠪᠠᠶᠢᠭᠤᠯᠤᠮᠵᠢ᠂ ᠨᠡᠶᠢᠭᠡᠮ ᠦᠨ ᠵᠣᠬᠢᠶᠠᠨ ᠪᠠᠶᠢᠭᠤᠯᠤᠯᠲᠠ ᠵᠢᠴᠢ ᠬᠤᠪᠢ ᠬᠦᠮᠦᠨ
 ᠦ ᠡᠷᠬᠢᠯᠡᠵᠦ ᠪᠠᠶᠢᠭ᠎ᠠ ᠤᠯᠤᠰ ᠲᠦᠷᠦ᠂ ᠴᠡᠷᠢᠭ ᠦᠨ ᠶᠠᠪᠤᠳᠠᠯ᠂ ᠠᠵᠤ ᠠᠬᠤᠢ᠂ ᠰᠢᠨᠵᠢᠯᠡᠬᠦ ᠤᠬᠠᠭᠠᠨ
᠂ ᠮᠡᠷᠭᠡᠵᠢᠯ᠂ ᠰᠣᠶᠣᠯ᠂ ᠱᠠᠰᠢᠨ ᠰᠤᠷᠲᠠᠬᠤᠨ ᠵᠡᠷᠭᠡ ᠬᠦᠳᠡᠯᠭᠡᠭᠡᠨ  ᠡᠴᠡ ᠱᠢᠭᠤᠳ ᠪᠦᠷᠢᠯᠳᠦᠭᠰᠡᠨ ᠨᠢ
ᠤᠯᠤᠰ ᠪᠣᠯᠣᠨ ᠨᠡᠶᠢᠭᠡᠮ ᠳ᠋ᠦ ᠬᠠᠳᠠᠭᠠᠯᠠᠬᠤ ᠦᠨ᠎ᠡ ᠥᠷᠳᠡᠭ ᠲᠠᠢ ᠡᠯ᠎ᠡ ᠵᠦᠢᠯ ᠦᠨ ᠦᠰᠦᠭ ᠪᠢᠴᠢᠭ ᠂ ᠵᠢᠷᠤᠭ᠂
ᠳᠠᠭᠤ ᠵᠡᠷᠭᠡ ᠣᠨᠳᠣᠣ ᠬᠡᠯᠪᠡᠷᠢ  ᠶᠢᠨ ᠲᠡᠦᠬᠡ ᠲᠡᠮᠲᠡᠭᠯᠡᠯ  ᠢ ᠵᠢᠭᠠᠨ᠎ᠠ᠃
     ᠭᠤᠷᠪᠠᠳᠦᠭᠠᠷ ᠵᠣᠷᠪᠤᠰ ᠠᠯᠢᠪᠠ ᠲᠦᠷᠦ ᠶᠢᠨ ᠪᠠᠶᠢᠭᠤᠯᠤᠯᠭ᠎ᠠ᠂ ᠵᠡᠪᠰᠡᠭᠳᠦ ᠬᠦᠴᠦᠨ᠂ ᠲᠦᠷᠦ ᠶᠢᠨ ᠨᠠᠮ᠂
ᠨᠡᠶᠢᠭᠡᠮ ᠦᠨ ᠪᠦᠯᠬᠦᠮ᠂ ᠠᠵᠤ ᠠᠬᠤᠶᠢᠯᠠᠯ ᠤᠨ ᠠᠵᠢᠯ ᠦᠢᠯᠡᠰ ᠦᠨ ᠨᠢᠭᠡᠴᠢ ᠬᠢᠭᠡᠳ ᠡᠷᠬᠡᠲᠦ ᠠᠷᠠᠳ ᠪᠦᠬᠦᠨ
ᠪᠦᠷ ᠳᠠᠩᠰᠠ ᠡᠪᠬᠡᠮᠡᠯ ᠢ ᠬᠠᠳᠠᠭᠠᠯᠠᠬᠤ ᠡᠭᠦᠷᠭᠡ
     ᠲᠠᠢ᠃ ᠳᠦᠷᠪᠡᠳᠦᠭᠡᠷ ᠵᠣᠷᠪᠤᠰ ᠡᠯ᠎ᠡ ᠱᠠᠲᠤ ᠶᠢᠨ ᠠᠷᠠᠳ ᠤᠨ ᠵᠠᠰᠠᠭ ᠤᠨ ᠣᠷᠳᠣᠨ ᠳᠠᠩᠰᠠ ᠡᠪᠬᠡᠮᠡᠯ ᠦᠨ ᠠᠵᠢᠯ
 ᠤᠨ ᠤᠳᠤᠷᠢᠳᠤᠯᠭ᠎ᠠ  ᠶᠢᠨ ᠲᠤᠬᠠᠢ ᠴᠢᠩᠭᠠᠳᠭᠠᠬᠤ᠂ ᠳᠠᠩᠰᠠ ᠡᠪᠬᠡᠮᠡᠯ ᠦᠨ ᠠᠵᠢᠯ ᠦᠢᠯᠡᠰ ᠦᠨ ᠪᠦᠲᠦᠭᠡᠨ
ᠪᠠᠶᠢᠭᠤᠯᠤᠯᠲᠠ ᠶᠢ ᠤᠯᠤᠰ ᠠᠷᠠᠳ  ᠤᠨ ᠠᠵᠤ ᠠᠬᠤᠢ ᠪᠣᠯᠣᠨ ᠨᠡᠶᠢᠭᠡᠮ ᠦᠨ ᠬᠦᠭᠵᠢᠯᠲᠡ ᠶᠢᠨ ᠲᠦᠯᠦᠪᠯᠡᠭᠡ
ᠳ᠋ᠦ ᠵᠢᠭᠰᠠᠭᠠᠨ
     ᠣᠷᠤᠭᠤᠯᠤᠨ᠎ᠠ᠃ ᠲᠠᠪᠤᠳᠤᠭᠠᠷ ᠵᠣᠷᠪᠤᠰ ᠳᠠᠩᠰᠠ ᠡᠪᠬᠡᠮᠡᠯ ᠦᠨ ᠠᠵᠢᠯ ᠨᠢᠭᠡᠲᠦᠯᠲᠠᠢ ᠤᠳᠤᠷᠢᠳᠤᠯᠭ᠎ᠠ ᠂ ᠳᠡᠰ ᠬᠤᠪᠢᠶᠠᠨ
ᠬᠠᠮᠢᠶᠠᠷᠬᠤ ᠵᠠᠷᠴᠢᠮ ᠢ ᠶᠠᠪᠤᠭᠤᠯᠬᠤ᠂ᠳᠠᠩᠰᠠ ᠡᠪᠬᠡᠮᠡᠯ ᠦᠨ ᠪᠦᠷᠢᠨ ᠪᠦᠲᠦᠨ ᠪᠠ ᠠᠶᠤᠯᠭᠦᠢ  ᠶᠢ ᠬᠠᠮᠠᠭᠠᠯᠠᠨ᠂
ᠨᠡᠶᠢᠭᠡᠮ ᠦᠨ ᠡᠯ᠎ᠡ ᠲᠠᠯ᠎ᠠ ᠶᠢᠨ ᠠᠰᠢᠭᠯᠠᠬᠤ ᠳ᠋ᠦ ᠳᠦᠭᠦᠮᠬᠡᠨ ᠪᠣᠯᠤᠨ᠎ᠠ᠃