ᠬᠣᠶᠠᠳᠤᠭᠠᠷ ᠪᠦᠯᠦᠭ ᠳᠠᠩᠰᠠ ᠡᠪᠬᠡᠮᠠᠯ ᠤᠨ ᠪᠠᠶᠢᠭᠤᠯᠤᠮᠵᠢ ᠵᠢᠴᠢ ᠲᠤᠰᠢᠶᠠᠯ ᠬᠠᠷᠢᠭᠤᠴᠠᠯᠭ᠎ᠠ
ᠵᠢᠷᠭᠤᠳᠤᠭᠠᠷ ᠵᠣᠷᠪᠤᠰ ᠤᠯᠤᠰ ᠤᠨ ᠳᠠᠩᠰᠠ ᠡᠪᠬᠡᠮᠡᠯ ᠦᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ
ᠰᠠᠯᠠᠭ᠎ᠠ ᠮᠦᠴᠢᠷ ᠪᠦᠬᠦ ᠤᠯᠤᠰ ᠤᠨ ᠳᠠᠩᠰᠠ ᠡᠪᠬᠡᠮᠡᠯ ᠦᠨ ᠠᠵᠢᠯ ᠦᠢᠯᠡᠰ ᠢ ᠭᠣᠣᠯ ᠡᠷᠬᠢᠯᠡᠵᠦ᠂ ᠪᠦᠬᠦ
ᠤᠯᠤᠰ ᠶᠢᠨ ᠳᠠᠩᠰᠠ ᠡᠪᠬᠡᠮᠡᠯ ᠦᠨ ᠠᠵᠢᠯ ᠦᠢᠯᠡᠰ ᠲᠦ ᠨᠢᠭᠡᠲᠦᠯᠲᠠᠢ ᠲᠦᠯᠦᠪᠯᠡᠨ ᠲᠦᠯᠦᠪᠵᠢᠭᠦᠯᠬᠦ᠂
ᠵᠣᠬᠢᠶᠠᠨ ᠪᠠᠶᠢᠭᠣᠯᠣᠨ ᠵᠣᠬᠢᠴᠠᠭᠤᠯᠬᠤ᠂ ᠨᠢᠭᠡᠲᠦᠯᠲᠠᠢ ᠳᠦᠷᠢᠮ᠂ ᠬᠢᠨᠠᠬᠤ ᠪᠣᠯᠤᠨ ᠵᠢᠯᠣᠭᠣᠳᠬᠤ ᠶᠢ
     ᠶᠠᠪᠤᠭᠤᠯᠤᠨ᠎ᠠ᠃ ᠰᠢᠶᠠᠨ ᠤ ᠳᠡᠰ ᠳᠡᠭᠡᠷᠡᠬᠢ ᠭᠠᠵᠠᠷ ᠣᠷᠣᠨ ᠤ ᠡᠯ᠎ᠡ ᠱᠠᠲᠤ ᠶᠢᠨ ᠠᠷᠠᠳ ᠤᠨ ᠵᠠᠰᠠᠭ ᠤᠨ ᠣᠷᠳᠣᠨ ᠤ ᠳᠠᠩᠰᠠ
ᠡᠪᠬᠡᠮᠡᠯ ᠦᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ
ᠣᠷᠤᠨ ᠨᠤᠲᠤᠭ ᠤᠨ ᠳᠠᠩᠰᠠ ᠡᠪᠬᠡᠮᠡᠯ ᠦᠨ ᠠᠵᠢᠯ ᠦᠢᠯᠡᠰ ᠢ ᠭᠣᠣᠯ ᠡᠷᠬᠢᠯᠡᠵᠦ᠂ ᠲᠤᠰ ᠵᠠᠰᠠᠭ ᠵᠠᠬᠢᠷᠭᠠᠨ ᠤ
ᠣᠷᠣᠨ ᠨᠤᠲᠤᠭ ᠲᠣᠲᠤᠷᠠᠬᠢ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠦᠨ ᠨᠢᠭᠡᠴᠢ ᠪᠣᠯᠤᠨ
ᠪᠣᠰᠤᠳ ᠵᠣᠬᠢᠶᠠᠨ ᠪᠠᠶᠢᠭᠤᠯᠤᠯᠲᠠ ᠶᠢᠨ ᠳᠠᠩᠰᠠ ᠡᠪᠬᠡᠮᠡᠯ ᠦᠨ ᠠᠵᠢᠯ ᠢ ᠬᠢᠨᠠᠨ ᠵᠢᠯᠣᠭᠣᠳᠬᠤ ᠶᠢ
     ᠶᠠᠪᠤᠭᠤᠯᠤᠨ᠎ᠠ᠃ ᠰᠢᠶᠠᠩ᠂ ᠦᠨᠳᠦᠰᠦᠲᠡᠨ ᠦ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ ᠵᠣᠬᠢᠬᠤ ᠲᠣᠭᠲᠠᠭᠠᠭᠰᠠᠨ
ᠠᠵᠢᠯᠲᠠᠨ ᠢᠶᠠᠷ ᠲᠤᠰ ᠪᠠᠶᠢᠭᠤᠯᠭ᠎ᠠ ᠶᠢᠨ ᠳᠠᠩᠰᠠ ᠡᠪᠬᠡᠮᠡᠯ ᠢ ᠬᠠᠷᠢᠭᠤᠴᠠᠨ ᠬᠠᠳᠠᠭᠠᠯᠠᠨ ᠬᠠᠮᠢᠶᠠᠷᠴᠤ᠂
ᠬᠠᠷᠢᠶᠠᠯᠠᠭᠳᠠᠬᠤ ᠪᠠᠶᠢᠭᠤᠯᠭ᠎ᠠ ᠶᠢᠨ ᠳᠠᠩᠰᠠ ᠡᠪᠬᠡᠮᠡᠯ ᠦᠨ ᠠᠵᠢᠯ ᠢ ᠬᠢᠨᠠᠬᠤ ᠪᠣᠯᠤᠨ ᠵᠢᠯᠣᠭᠤᠳᠬᠤ ᠶᠢ
     ᠶᠠᠪᠤᠭᠤᠯᠤᠨ᠎ᠠ᠃ ᠳᠣᠯᠤᠳᠤᠭᠠᠷ ᠵᠣᠷᠪᠤᠰ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ  ᠠᠵᠢᠯ ᠦᠢᠯᠡᠰ ᠦᠨ ᠨᠢᠭᠡᠴᠢ ᠪᠣᠯᠤᠨ
ᠪᠣᠰᠤᠳ ᠵᠣᠬᠢᠶᠠᠨ ᠪᠠᠶᠢᠭᠤᠯᠤᠯᠲᠠ ᠶᠢᠨ ᠳᠠᠩᠰᠠ ᠡᠪᠬᠡᠮᠡᠯ ᠦᠨ ᠪᠠᠶᠢᠭᠤᠯᠤᠮᠵᠢ ᠡᠰᠡᠪᠡᠯ ᠳᠠᠩᠰᠠ ᠡᠪᠬᠡᠮᠡᠯ ᠦᠨ
ᠠᠵᠢᠯᠲᠠᠨ ᠲᠤᠰ ᠪᠠᠶᠢᠭᠤᠯᠭ᠎ᠠ ᠶᠢᠨ ᠳᠠᠩᠰᠠ ᠡᠪᠬᠡᠮᠡᠯ ᠢ ᠬᠠᠷᠢᠭᠤᠴᠠᠨ ᠬᠠᠳᠠᠭᠠᠯᠠᠨ ᠬᠠᠮᠢᠶᠠᠷᠴᠦ᠂
ᠬᠠᠷᠢᠶᠠᠯᠠᠭᠳᠠᠬᠤ ᠪᠠᠶᠢᠭᠤᠯᠤᠮᠵᠢ ᠶᠢᠨ ᠳᠠᠩᠰᠠ ᠡᠪᠬᠡᠮᠡᠯ ᠦᠨ ᠠᠵᠢᠯ ᠢ ᠬᠢᠨᠠᠬᠤ ᠪᠣᠯᠤᠨ ᠵᠢᠯᠣᠭᠤᠳᠬᠤ ᠶᠢ
     ᠶᠠᠪᠤᠭᠤᠯᠤᠨ᠎ᠠ᠃ ᠨᠠᠢᠮᠠᠳᠤᠭᠠᠷ ᠵᠣᠷᠪᠤᠰ ᠲᠦᠪ ᠪᠣᠯᠤᠨ ᠰᠢᠶᠠᠨ  ᠤ ᠳᠡᠰ ᠳᠡᠭᠡᠷᠡᠬᠢ ᠭᠠᠵᠠᠷ ᠣᠷᠣᠨ ᠤ ᠡᠯ᠎ᠡ ᠱᠠᠲᠤᠨ ᠤ
ᠡᠯ᠎ᠡ ᠲᠦᠷᠦᠯ ᠦᠨ ᠳᠠᠩᠰᠠ ᠡᠪᠬᠡᠮᠡᠯ ᠦᠨ ᠭᠠᠵᠠᠷ ᠪᠣᠯ ᠳᠠᠩᠰᠠ ᠡᠪᠬᠡᠮᠡᠯ ᠢ ᠲᠦᠪᠯᠡᠷᠡᠨ ᠬᠠᠮᠢᠶᠠᠷᠴᠤ
ᠪᠠᠶᠢᠭ᠎ᠠ ᠰᠣᠶᠣᠯ ᠠᠵᠢᠯ ᠦᠢᠯᠡᠰ ᠦᠨ ᠪᠠᠶᠢᠭᠤᠯᠤᠮᠵᠢ᠂ ᠬᠦᠯᠢᠶᠡᠨ ᠠᠪᠬᠤ᠂ ᠲᠡᠭᠰᠢᠯᠡᠬᠦ᠂ ᠬᠠᠳᠠᠭᠠᠯᠠᠨ
ᠬᠠᠮᠢᠶᠠᠷᠬᠤ ᠶᠢ ᠬᠠᠷᠢᠭᠤᠴᠠᠬᠤ ᠪᠣᠯᠤᠨ ᠡᠯ᠎ᠡ ᠬᠠᠮᠢᠶᠠᠷᠬᠤ ᠬᠦᠷᠢᠶ᠎ᠡ ᠬᠡᠪᠴᠢᠶ᠎ᠡ ᠲᠣᠳᠤᠷ᠎ᠠ ᠶᠢᠨ
ᠳᠠᠩᠰᠠ ᠡᠪᠬᠡᠮᠡᠯ ᠢ ᠬᠠᠩᠭᠠᠨ
     ᠠᠰᠢᠭᠯᠠᠨ᠎ᠠ᠃ ᠶᠢᠰᠦᠳᠦᠭᠡᠷ ᠵᠣᠷᠪᠤᠰ ᠳᠠᠩᠰᠠ ᠡᠪᠬᠡᠮᠡᠯ ᠦᠨ ᠠᠵᠢᠯᠲᠠᠨ ᠲᠤᠰᠢᠶᠠᠯ ᠳᠠᠭᠠᠨ ᠦᠨᠡᠨᠴᠢ ᠬᠠᠷᠢᠭᠤᠴᠠᠯᠭ᠎ᠠ
ᠲᠠᠢ᠂ ᠰᠠᠬᠢᠯᠭ᠎ᠠ ᠶᠢ ᠪᠠᠲᠤ ᠵᠢᠷᠦᠮᠯᠡᠨ ᠰᠠᠬᠢᠬᠤ᠂ ᠲᠤᠰᠭᠠᠢ ᠮᠡᠷᠭᠡᠵᠢᠯ ᠦᠨ ᠮᠡᠳᠡᠯᠭᠡ ᠪᠦᠷᠢᠳᠦᠭᠦᠯᠪᠡᠯ
     ᠵᠣᠬᠢᠨ᠎ᠠ᠃ ᠳᠠᠩᠰᠠ ᠡᠪᠬᠡᠮᠡᠯ ᠦᠨ ᠴᠤᠭᠯᠠᠭᠤᠯᠬᠤ᠂ ᠲᠡᠭᠰᠢᠯᠡᠬᠦ᠂ ᠬᠠᠮᠠᠭᠠᠯᠠᠯᠲᠠ ᠪᠣᠯᠤᠨ ᠬᠠᠩᠭᠠᠨ ᠠᠰᠢᠭᠯᠠᠬᠤ
ᠵᠡᠷᠭᠡ ᠲᠠᠯ᠎ᠠ ᠶᠢᠨ ᠦᠷ᠎ᠡ ᠪᠦᠳᠦᠮᠵᠢ ᠳᠣᠪᠤᠶᠢᠮ᠎ᠠ ᠪᠠᠶᠢᠭᠤᠯᠭ᠎ᠠ ᠡᠰᠡᠪᠡᠯ ᠬᠤᠪᠢ ᠬᠦᠮᠦᠨ ᠢ ᠡᠯ᠎ᠡ
ᠱᠠᠲᠤᠨ ᠤ ᠠᠷᠠᠳ ᠤᠨ ᠵᠠᠰᠠᠭ ᠤᠨ ᠣᠷᠳᠤᠨ ᠠᠴᠠ ᠭᠦᠬᠢᠭᠦᠯᠦᠯ ᠬᠦᠷᠲᠡᠭᠡᠪᠡᠯ ᠵᠣᠬᠢᠨ᠎ᠠ᠃