ᠭᠤᠷᠪᠠᠳᠤᠭᠠᠷ ᠪᠦᠯᠦᠭ ᠳᠠᠩᠰᠠ ᠡᠪᠬᠡᠮᠡᠯ ᠦᠨ ᠬᠠᠮᠢᠶᠠᠷᠤᠯᠲᠠ
ᠠᠷᠪᠠᠳᠤᠭᠠᠷ ᠵᠣᠷᠪᠤᠰ ᠤᠯᠤᠰ ᠤᠨ ᠲᠣᠭᠲᠠᠭᠠᠭᠰᠠᠨ ᠡᠪᠬᠡᠮᠡᠯᠯᠡᠬᠦ ᠵᠣᠬᠢᠬᠤ ᠳᠠᠩᠰᠠ ᠡᠪᠬᠡᠮᠡᠯ ᠳᠦ
ᠣᠷᠤᠭᠤᠯᠬᠤ ᠮᠠᠲ᠋ᠧᠷᠢᠶᠠᠯ ᠢ ᠡᠷᠬᠡᠪᠰᠢ ᠲᠣᠭᠲᠠᠭᠠᠯ ᠶᠣᠰᠤᠭᠠᠷ ᠲᠣᠭᠲᠠᠮᠠᠯ ᠬᠤᠭᠤᠴᠠᠭᠠᠨ ᠳᠤ ᠲᠤᠰ
ᠪᠠᠶᠢᠭᠤᠯᠭ᠎ᠠ ᠶᠢᠨ ᠳᠠᠩᠰᠠ ᠡᠪᠡᠮᠡᠯ ᠦᠨ ᠪᠠᠶᠢᠭᠤᠯᠤᠮᠵᠢ ᠡᠰᠡᠪᠡᠯ ᠳᠠᠩᠰᠠ ᠡᠪᠬᠡᠮᠡᠯ ᠦᠨ ᠠᠵᠢᠯᠲᠠᠨ ᠳᠤ
ᠰᠢᠯᠵᠢᠭᠦᠯᠦᠨ ᠲᠤᠰᠢᠶᠠᠨ ᠲᠦᠪᠯᠡᠷᠡᠭᠦᠯᠦᠨ ᠬᠠᠮᠢᠶᠠᠷᠴᠤ᠂ ᠠᠯᠢᠪᠠ ᠬᠤᠪᠢ ᠬᠦᠮᠦᠨ ᠥᠪᠡᠷ ᠦᠨ ᠬᠢ ᠪᠡᠨ
ᠪᠣᠯᠭᠠᠵᠤ ᠪᠣᠯᠬᠤ
     ᠦᠭᠡᠢ᠃ ᠤᠯᠤᠰ ᠤᠨ ᠲᠣᠭᠲᠠᠭᠠᠭᠰᠠᠨ ᠳᠠᠩᠰᠠ ᠡᠪᠬᠡᠮᠡᠯ ᠳᠦ ᠣᠷᠤᠭᠤᠯᠬᠤ ᠠᠰᠢᠭ ᠦᠭᠡᠢ ᠮᠠᠲ᠋ᠧᠷᠢᠶᠠᠯ ᠢ ᠳᠤᠷ᠎ᠠ ᠪᠠᠷ
ᠳᠠᠩᠰᠠ ᠡᠪᠬᠡᠮᠡᠯ ᠳᠦ ᠣᠷᠤᠭᠤᠯᠬᠤ ᠶᠢ
     ᠬᠣᠷᠢᠭᠯᠠᠨ᠎ᠠ᠃ ᠠᠷᠪᠠᠨ ᠨᠢᠭᠡᠳᠦᠭᠡᠷ ᠵᠣᠷᠪᠤᠰ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠦᠨ ᠨᠢᠭᠡᠴᠢ
ᠪᠣᠯᠤᠨ ᠪᠣᠰᠤᠳ ᠵᠣᠬᠢᠶᠠᠨ ᠪᠠᠶᠢᠭᠤᠯᠤᠯᠲᠠ ᠡᠷᠬᠡᠪᠰᠢ ᠤᠯᠤᠰ ᠤᠨ ᠲᠣᠭᠲᠠᠭᠠᠯ ᠶᠣᠰᠤᠭᠠᠷ ᠲᠣᠭᠲᠠᠭᠰᠠᠨ
ᠬᠤᠭᠤᠴᠠᠭᠠᠨ ᠳᠤ ᠳᠠᠩᠰᠠ ᠡᠪᠬᠡᠮᠡᠯ ᠦᠨ ᠭᠠᠵᠠᠷ ᠵᠦᠭ ᠳᠠᠩᠰᠠ ᠡᠪᠬᠡᠮᠡᠯ ᠢ ᠰᠢᠯᠵᠢᠭᠦᠯᠦᠨ
     ᠲᠤᠰᠢᠶᠠᠨ᠎ᠠ᠃ ᠠᠷᠪᠠᠨ ᠬᠣᠶᠠᠳᠤᠭᠠᠷ ᠵᠣᠷᠪᠤᠰ ᠮᠦᠽᠧᠢ᠂ ᠨᠣᠮ ᠤᠨ ᠰᠠᠩ᠂ ᠳᠤᠷᠠᠰᠭᠠᠯ ᠤᠨ ᠣᠷᠳᠤᠨ ᠵᠡᠷᠭᠡ ᠪᠠᠶᠢᠭᠤᠯᠭ᠎ᠠ ᠶᠢᠨ
ᠬᠠᠳᠠᠭᠠᠯᠠᠭᠰᠠᠨ ᠲᠡᠥᠬᠡ ᠶᠢᠨ ᠳᠤᠷᠠᠰᠭᠠᠯᠲᠤ ᠵᠦᠢᠯ᠂ ᠨᠣᠮ ᠪᠢᠴᠢᠭ ᠦᠨ ᠮᠠᠲ᠋ᠧᠷᠢᠶᠠᠯ ᠳᠠᠩᠰᠠ ᠡᠪᠬᠡᠮᠡᠯ 
ᠪᠣᠯᠪᠠᠯ ᠬᠠᠤᠯᠢ ᠴᠠᠭᠠᠵᠠ ᠪᠣᠯᠤᠨ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠤᠭᠠᠷ
ᠲᠡᠭᠡᠷ᠎ᠡ ᠬᠡᠯᠡᠭᠰᠡᠨ ᠪᠠᠶᠢᠭᠤᠯᠭ᠎ᠠ ᠥᠪᠡᠷ ᠢᠶᠡᠨ ᠬᠠᠮᠢᠶᠠᠷᠴᠦ
     ᠪᠣᠯᠤᠨ᠎ᠠ᠃ ᠳᠠᠩᠰᠠ ᠡᠪᠬᠡᠮᠡᠯ ᠦᠨ ᠭᠠᠵᠠᠷ ᠪᠠ ᠲᠡᠭᠡᠷ᠎ᠡ ᠬᠡᠯᠡᠭᠰᠡᠨ ᠪᠠᠶᠢᠭᠤᠯᠭ᠎ᠠ ᠳᠠᠩᠰᠠ ᠡᠪᠬᠡᠮᠡᠯ ᠦᠨ ᠠᠰᠢᠭᠯᠠᠬᠤ
ᠲᠠᠯ᠎ᠠ ᠪᠠᠷ ᠬᠠᠷᠢᠯᠴᠠᠨ ᠬᠠᠮᠵᠢᠯᠴᠠᠵᠤ ᠪᠠᠶᠢᠪᠠᠯ
     ᠵᠣᠬᠢᠨ᠎ᠠ᠃ ᠠᠷᠪᠠᠨ ᠭᠤᠷᠪᠠᠳᠤᠭᠠᠷ ᠵᠣᠷᠪᠤᠰ ᠡᠯ᠎ᠡ ᠱᠠᠲᠤ ᠡᠯ᠎ᠡ ᠲᠦᠷᠦᠯ ᠦᠨ ᠳᠠᠩᠰᠠ ᠡᠪᠬᠡᠮᠡᠯ ᠦᠨ ᠭᠠᠵᠠᠷ᠂ ᠪᠠᠶᠢᠭᠤᠯᠭ᠎ᠠ᠂
ᠪᠦᠯᠬᠦᠮ᠂ ᠠᠵᠤ ᠠᠬᠤᠶᠢᠯᠠᠯ ᠠᠵᠢᠯ ᠦᠢᠯᠡᠰ ᠦᠨ ᠨᠢᠭᠡᠴᠢ ᠪᠣᠯᠤᠨ ᠪᠣᠰᠤᠳ ᠵᠣᠬᠢᠶᠠᠨ ᠪᠠᠶᠢᠭᠤᠯᠤᠯᠲᠠ ᠶᠢᠨ
ᠳᠠᠩᠰᠠ ᠡᠪᠬᠡᠮᠡᠯ ᠦᠨ ᠪᠠᠶᠢᠭᠤᠯᠤᠮᠵᠢ ᠰᠢᠨᠵᠢᠯᠡᠬᠦ ᠤᠬᠠᠭᠠᠨᠴᠢ ᠶᠢᠨ ᠬᠠᠮᠢᠶᠠᠷᠤᠯᠲᠠ ᠶᠢᠨ ᠳᠦᠷᠢᠮ ᠢ
ᠪᠠᠶᠢᠭᠤᠯᠪᠠᠯ ᠵᠣᠬᠢᠵᠤ᠂ ᠳᠠᠩᠰᠠ ᠡᠪᠬᠡᠮᠡᠯ ᠦᠨ ᠠᠰᠢᠭᠯᠠᠬᠤ ᠳᠤ ᠳᠦᠭᠦᠮᠬᠡᠨ᠂ ᠴᠢᠬᠤᠯᠠ ᠲᠥᠬᠥᠭᠡᠷᠦᠮᠵᠢ
ᠲᠣᠬᠢᠷᠠᠭᠤᠯᠬᠤ᠂ ᠳᠠᠩᠰᠠ ᠡᠪᠬᠡᠮᠡᠯ ᠦᠨ ᠠᠶᠤᠯᠭᠦᠢ ᠶᠢ ᠯᠠᠪᠲᠠᠢ ᠪᠠᠲᠤᠯᠠᠬᠤ᠂ ᠲᠡᠷᠢᠭᠦᠨ ᠦ ᠮᠡᠷᠭᠡᠵᠢᠯ ᠢ
ᠠᠪᠴᠤ ᠬᠡᠷᠡᠭᠯᠡᠨ ᠳᠠᠩᠰᠠ ᠡᠪᠬᠡᠮᠡᠯ ᠦᠨ ᠬᠠᠮᠢᠶᠠᠷᠤᠯᠲᠠ ᠶᠢᠨ ᠣᠳᠣᠬᠢᠴᠢᠯᠠᠯᠲᠠ ᠶᠢ
     ᠪᠡᠶᠡᠯᠡᠭᠦᠯᠦᠨ᠎ᠡ᠃ ᠠᠷᠪᠠᠨ ᠳᠦᠷᠪᠡᠳᠦᠭᠡᠷ ᠵᠣᠷᠪᠤᠰ ᠨᠢᠭᠤᠴᠠ ᠳᠠᠩᠰᠠ ᠡᠪᠬᠡᠮᠡᠯ ᠦᠨ ᠬᠠᠮᠢᠶᠠᠷᠤᠯᠲᠠ ᠪᠣᠯᠤᠨ ᠠᠰᠢᠭᠯᠠᠬᠤ᠂
ᠨᠢᠭᠤᠴᠠ ᠳᠡᠰ ᠦᠨ ᠬᠤᠪᠢᠷᠠᠭᠠᠬᠤ ᠪᠠ ᠨᠢᠭᠤᠴᠠ ᠵᠠᠳᠠᠷᠠᠬᠤ᠂ ᠡᠷᠬᠡᠪᠰᠢ ᠤᠯᠤᠰ ᠤᠨ ᠬᠣᠯᠪᠤᠭᠳᠠᠯ ᠪᠦᠬᠦᠢ
ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠪᠣᠯᠤᠨ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ
ᠲᠣᠭᠲᠠᠭᠠᠯ ᠶᠣᠰᠤᠭᠠᠷ
     ᠰᠢᠢᠳᠪᠦᠷᠢᠯᠡᠨ᠎ᠡ᠃ ᠠᠷᠪᠠᠨ ᠲᠠᠪᠤᠳᠤᠭᠠᠷ ᠵᠣᠷᠪᠤᠰ ᠳᠠᠩᠰᠠ ᠡᠪᠬᠡᠮᠡᠯ ᠦᠨ ᠬᠠᠳᠠᠭᠠᠯᠠᠬᠤ ᠦᠨ᠎ᠡ ᠦᠷᠲᠡᠭ ᠦᠨ ᠵᠠᠷᠴᠢᠮ ᠢ
ᠬᠢᠨᠠᠨ ᠲᠣᠭᠲᠠᠭᠠᠬᠤ᠂ ᠬᠠᠳᠠᠭᠠᠯᠠᠬᠤ ᠬᠤᠭᠤᠴᠠᠭ᠎ᠠ ᠶᠢᠨ ᠪᠠᠷᠢᠮᠵᠢᠶ᠎ᠠ ᠵᠢᠴᠢ ᠳᠠᠩᠰᠠ ᠡᠪᠬᠡᠮᠡᠯ ᠦᠨ
ᠤᠰᠠᠳᠭᠠᠬᠤ ᠶᠠᠪᠤᠴᠠ ᠪᠣᠯᠤᠨ ᠠᠷᠭ᠎ᠠ ᠶᠢ ᠤᠯᠤᠰ ᠤᠨ ᠳᠠᠩᠰᠠ ᠡᠪᠬᠡᠮᠡᠯ ᠦᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ
ᠰᠠᠯᠠᠭ᠎ᠠ ᠮᠦᠴᠢᠷ ᠡᠴᠡ ᠲᠣᠭᠲᠠᠭᠠᠵᠤ᠂ ᠳᠤᠷ᠎ᠠ ᠪᠠᠷ ᠤᠰᠠᠳᠭᠠᠬᠤ ᠶᠢ
     ᠬᠣᠷᠢᠭᠯᠠᠨ᠎ᠠ᠃ ᠠᠷᠪᠠᠨ ᠵᠢᠷᠭᠤᠳᠤᠭᠠᠷ ᠵᠣᠷᠪᠤᠰ ᠬᠠᠮᠲᠤ ᠶᠢᠨ ᠦᠮᠴᠢᠯᠡᠯ ᠪᠣᠯᠤᠨ ᠬᠤᠪᠢ ᠬᠦᠮᠦᠨ ᠦ ᠪᠦᠭᠦᠳᠠ ᠤᠯᠤᠰ ᠪᠣᠯᠤᠨ
ᠨᠡᠶᠢᠭᠡᠮ ᠳᠦ ᠬᠠᠳᠠᠭᠠᠯᠠᠬᠤ ᠦᠨ᠎ᠡ ᠦᠷᠲᠡᠭ ᠲᠠᠢ ᠡᠰᠡᠪᠡᠯ ᠨᠢᠭᠤᠴᠠ ᠶᠢ ᠬᠠᠮᠠᠭᠠᠯᠠᠪᠠᠯ ᠵᠣᠬᠢᠬᠤ ᠳᠠᠩᠰᠠ
ᠡᠪᠬᠡᠮᠡᠯ ᠢ ᠳᠠᠩᠰᠠ ᠡᠪᠬᠡᠮᠡᠯ ᠦᠨ ᠦᠮᠴᠢᠯᠡᠭᠴᠢ ᠰᠠᠶᠢᠨ ᠬᠠᠳᠠᠭᠠᠯᠠᠨ ᠬᠠᠮᠢᠶᠠᠷᠪᠠᠯ ᠵᠣᠬᠢᠨ᠎ᠠ᠃
ᠬᠠᠳᠠᠭᠠᠯᠠᠨ ᠬᠠᠮᠢᠶᠠᠷᠬᠤ ᠨᠦᠬᠦᠴᠡᠯ ᠮᠠᠭᠤ ᠡᠰᠡᠪᠡᠯ ᠪᠣᠰᠤᠳ ᠰᠢᠯᠲᠠᠭᠠᠨ ᠠᠴᠠ ᠪᠣᠯᠵᠤ ᠳᠠᠩᠰᠠ ᠡᠪᠬᠡᠮᠡᠯ ᠦᠨ
ᠬᠦᠨᠳᠦ ᠰᠦᠷᠡᠬᠡᠢ ᠡᠪᠳᠡᠬᠦ ᠪᠣᠯᠤᠨ ᠠᠶᠤᠯ ᠡᠭᠦᠰᠭᠡᠬᠦ ᠶᠢᠨ ᠲᠤᠬᠠᠢ᠂ ᠤᠯᠤᠰ ᠤᠨ ᠳᠠᠩᠰᠠ ᠡᠪᠬᠡᠮᠡᠯ ᠦᠨ
ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠡᠴᠡ ᠡᠷᠬᠡ ᠠᠪᠴᠤ ᠬᠠᠳᠠᠭᠠᠯᠠᠨ ᠬᠠᠮᠢᠶᠠᠷᠬᠤ
ᠵᠡᠷᠭᠡ ᠳᠠᠩᠰᠠ ᠡᠪᠬᠡᠮᠡᠯ ᠦᠨ ᠪᠦᠷᠢᠨ ᠪᠦᠳᠦᠨ ᠪᠣᠯᠤᠨ ᠠᠶᠤᠯᠭᠦᠢ ᠶᠢ ᠯᠠᠪᠲᠠᠢ ᠪᠠᠲᠤᠯᠠᠬᠤ ᠠᠷᠭ᠎ᠠ ᠬᠡᠮᠵᠢᠶ᠎ᠡ
ᠪᠠᠶᠢᠵᠤ᠂ ᠴᠢᠬᠤᠯᠠ ᠦᠶ᠎ᠡ ᠳᠦ ᠬᠤᠳᠠᠯᠳᠤᠨ ᠠᠪᠬᠤ ᠡᠰᠡᠪᠡᠯ ᠠᠯᠪᠠᠨ ᠳᠤ ᠬᠤᠳᠠᠯᠳᠤᠨ ᠠᠪᠴᠤ
     ᠪᠣᠯᠤᠨ᠎ᠠ᠃ ᠡᠮᠦᠨ᠎ᠡ ᠵᠣᠷᠪᠤᠰᠯᠠᠭᠰᠠᠨ ᠳᠠᠩᠰᠠ ᠡᠪᠬᠡᠮᠡᠯ᠂ ᠳᠠᠩᠰᠠ ᠡᠪᠬᠡᠮᠡᠯ ᠦᠨ ᠦᠮᠴᠢᠯᠡᠭᠴᠢ ᠤᠯᠤᠰ ᠤᠨ ᠳᠠᠩᠰᠠ
ᠡᠪᠬᠡᠮᠡᠯ ᠦᠨ ᠭᠠᠵᠠᠷ ᠵᠦᠭ ᠬᠠᠳᠠᠭᠠᠯᠠᠭᠤᠯᠬᠤ ᠡᠰᠡᠪᠡᠯ ᠬᠤᠳᠠᠯᠳᠤᠵᠤ ᠪᠣᠯᠤᠨ᠎ᠠ ︔ ᠤᠯᠤᠰ ᠤᠨ ᠳᠠᠩᠰᠠ
ᠡᠪᠬᠡᠮᠡᠯ ᠦᠨ ᠭᠠᠵᠠᠷ ᠠᠴᠠ ᠭᠠᠳᠠᠨ᠎ᠠ ᠠᠯᠢᠪᠠ ᠪᠠᠶᠢᠭᠤᠯᠭ᠎ᠠ ᠡᠰᠡᠪᠡᠯ ᠬᠤᠪᠢ ᠬᠦᠮᠦᠨ ᠳᠦ ᠬᠤᠳᠠᠯᠳᠤᠬᠤ ᠶᠢ
ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠰᠢᠶᠠᠨ ᠤ ᠳᠡᠰ ᠳᠡᠭᠡᠷᠡᠬᠢ ᠠᠷᠠᠳ ᠤᠨ ᠵᠠᠰᠠᠭ ᠤᠨ ᠣᠷᠳᠦᠨ ᠤ
ᠳᠠᠩᠰᠠ ᠡᠪᠬᠡᠮᠡᠯ ᠦᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠦᠨ ᠵᠦᠪᠰᠢᠶᠡᠷᠡᠬᠦ ᠢ
ᠣᠯᠪᠠᠯ ᠵᠣᠬᠢᠨ᠎ᠠ᠃ ᠠᠰᠢᠭ ᠬᠦᠭᠡᠭᠡᠴᠡᠯᠳᠦᠵᠤ ᠬᠤᠳᠠᠯᠳᠤᠬᠤ ᠶᠢ ᠡᠷᠡᠰ ᠴᠠᠭᠠᠵᠠᠯᠠᠨ᠎ᠠ᠂ ᠭᠠᠳᠠᠭᠠᠳᠤ
ᠤᠯᠤᠰ ᠤᠨ ᠬᠦᠮᠦᠨ ᠳᠦ ᠬᠤᠳᠠᠯᠳᠤᠵᠤ ᠦᠭᠬᠦ ᠡᠰᠡᠪᠡᠯ ᠪᠡᠯᠡᠭᠯᠡᠨ ᠦᠭᠬᠦ ᠶᠢ ᠡᠷᠡᠰ
     ᠴᠠᠭᠠᠵᠠᠯᠠᠨ᠎ᠠ᠃ ᠤᠯᠤᠰ ᠲᠤ ᠳᠠᠩᠰᠠ ᠡᠪᠬᠡᠮᠡᠯ ᠪᠡᠯᠡᠭᠯᠡᠨ ᠬᠦᠷᠭᠡᠭᠰᠡᠨ ᠢ ᠳᠠᠩᠰᠠ ᠡᠪᠬᠡᠮᠡᠯ ᠦᠨ ᠭᠠᠵᠠᠷ ᠭᠦᠬᠢᠭᠦᠯᠦᠯ
ᠦᠭᠪᠡᠯ
     ᠵᠣᠬᠢᠨ᠎ᠠ᠃ ᠠᠷᠪᠠᠨ ᠳᠣᠯᠤᠳᠤᠭᠠᠷ ᠵᠣᠷᠪᠤᠰ ᠤᠯᠤᠰ ᠲᠤ ᠬᠠᠷᠢᠶᠠᠯᠠᠭᠳᠠᠬᠤ ᠪᠦᠭᠦᠳᠡ ᠳᠠᠩᠰᠠ ᠡᠪᠬᠡᠮᠡᠯ ᠢ ᠬᠤᠳᠠᠯᠳᠤᠬᠤ ᠶᠢ
     ᠬᠣᠷᠢᠭᠯᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠦᠨ ᠨᠢᠭᠡᠴᠢ ᠬᠥᠷᠥᠩᠭᠡ ᠰᠢᠯᠵᠢᠭᠦᠯᠦᠨ ᠥᠭᠭᠥ
ᠴᠠᠭ᠂ ᠰᠢᠯᠵᠢᠭᠦᠯᠦᠨ ᠥᠭᠭᠥ ᠬᠣᠯᠪᠤᠭᠳᠠᠯ ᠪᠦᠬᠦᠢ ᠳᠠᠩᠰᠠ ᠡᠪᠬᠡᠮᠡᠯ ᠦᠨ ᠪᠣᠲᠠᠲᠠᠢ ᠠᠷᠭ᠎ᠠ ᠶᠢ ᠤᠯᠤᠰ ᠤᠨ
ᠳᠠᠩᠰᠠ ᠡᠪᠬᠡᠮᠡᠯ ᠦᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠡᠴᠡ
     ᠲᠣᠭᠲᠠᠭᠠᠨ᠎ᠠ᠃ ᠳᠠᠩᠰᠠ ᠡᠪᠬᠡᠮᠡᠯ ᠦᠨ ᠳᠠᠷᠤᠮᠠᠯ ᠵᠠᠬ᠎ᠠ ᠶᠢᠨ ᠰᠣᠯᠢᠯᠴᠠᠬᠤ᠂ ᠰᠢᠯᠵᠢᠭᠦᠯᠦᠨ ᠥᠭᠭᠥ ᠪᠣᠯᠤᠨ ᠬᠤᠳᠠᠯᠳᠤᠬᠤ ᠶᠢ
ᠤᠯᠤᠰ ᠤᠨ ᠲᠣᠭᠲᠠᠭᠠᠯ ᠶᠣᠰᠤᠭᠠᠷ
     ᠰᠢᠢᠳᠪᠦᠷᠢᠯᠡᠨ᠎ᠡ᠃ ᠠᠷᠪᠠᠨ ᠨᠠᠶᠢᠮᠠᠳᠦᠭᠠᠷ ᠵᠣᠷᠪᠤᠰ ᠤᠯᠤᠰ ᠲᠤ ᠬᠠᠷᠢᠶᠠᠯᠠᠭᠳᠠᠬᠤ ᠪᠦᠭᠦᠳᠡ ᠳᠠᠩᠰᠠ ᠡᠪᠬᠡᠮᠡᠯ ᠪᠣᠯᠤᠨ
ᠲᠤᠰ ᠬᠠᠤᠯᠢ ᠶᠢᠨ ᠠᠷᠪᠠᠨ ᠵᠢᠷᠭᠤᠳᠤᠭᠠᠷ ᠳᠦᠷᠢᠮ ᠳᠦ ᠲᠣᠭᠲᠠᠭᠠᠭᠰᠠᠨ ᠳᠠᠩᠰᠠ ᠡᠪᠬᠡᠮᠡᠯ ᠪᠠᠰᠠ ᠡᠳᠡᠭᠡᠷ
ᠳᠠᠩᠰᠠ ᠡᠪᠬᠡᠮᠡᠯ ᠦᠨ ᠳᠠᠷᠤᠮᠠᠯ ᠵᠠᠬ᠎ᠠ ᠶᠢ ᠳᠠᠯᠳᠠᠭᠤᠷ ᠳᠠᠭᠠᠭᠠᠭᠤᠯᠵᠤ ᠬᠢᠯᠢ ᠡᠴᠡ ᠭᠠᠷᠬᠤ ᠶᠢ
ᠬᠣᠷᠢᠭᠯᠠᠨ᠎ᠠ᠃