ᠳᠦᠷᠪᠡᠳᠦᠭᠡᠷ ᠪᠦᠯᠦᠭ ᠳᠠᠩᠰᠠ ᠡᠪᠬᠡᠮᠡᠯ ᠤᠨ ᠠᠰᠢᠭᠯᠠᠬᠤ ᠡᠷᠬᠡ ᠲᠤᠰᠢᠶᠠᠯ ᠪᠣᠯᠤᠨ ᠨᠡᠶᠢᠳᠡᠯᠡᠬᠦ
ᠠᠷᠪᠠᠨ ᠶᠢᠰᠦᠳᠦᠭᠡᠷ ᠵᠣᠷᠪᠤᠰ ᠤᠯᠤᠰ ᠤᠨ ᠳᠠᠩᠰᠠ ᠡᠪᠬᠡᠮᠡᠯ ᠦᠨ ᠭᠠᠵᠠᠷ ᠤᠨ ᠬᠠᠳᠠᠭᠠᠯᠠᠨ ᠬᠠᠮᠢᠶᠠᠷᠴᠦ
ᠪᠠᠶᠢᠭ᠎ᠠ ᠳᠠᠩᠰᠠ ᠡᠪᠬᠡᠮᠡᠯ ᠪᠦᠷᠢᠯᠳᠦᠭᠰᠡᠨ ᠡᠳᠦᠷ ᠡᠴᠡ ᠡᠬᠢᠯᠡᠨ ᠭᠤᠴᠢᠨ ᠵᠢᠯ ᠪᠣᠯᠤᠭᠰᠠᠨ ᠬᠣᠶᠢᠨ᠎ᠠ
ᠨᠡᠶᠢᠭᠡᠮ ᠵᠦᠭ ᠲᠠᠯᠪᠢᠨ᠎ᠠ᠃ ᠠᠵᠤ ᠠᠬᠤᠢ᠂ ᠰᠢᠨᠵᠢᠯᠡᠬᠦ ᠤᠬᠠᠭᠠᠨ᠂ ᠮᠡᠷᠭᠡᠵᠢᠯ᠂ ᠰᠣᠶᠣᠯ ᠵᠡᠷᠭᠡ ᠲᠦᠷᠦᠯ ᠤᠨ
ᠳᠠᠩᠰᠠ ᠡᠪᠬᠡᠮᠡᠯ ᠨᠡᠶᠢᠭᠡᠮ ᠵᠦᠭ ᠨᠡᠬᠡᠬᠡᠬᠦ ᠬᠤᠭᠤᠴᠠᠭ᠎ᠠ ᠭᠤᠴᠢᠨ ᠵᠢᠯ ᠡᠴᠡ ᠪᠠᠭ᠎ᠠ ᠪᠠᠶᠢᠵᠤ ᠪᠣᠯᠤᠨ᠎ᠠ᠂
ᠤᠯᠤᠰ ᠤᠨ ᠠᠶᠤᠯᠭᠦᠢ ᠡᠰᠡᠪᠡᠯ ᠬᠦᠨᠳᠦ ᠴᠢᠬᠤᠯᠠ ᠠᠰᠢᠭ ᠲᠤᠰᠠ ᠲᠠᠢ ᠬᠣᠯᠪᠤᠭᠳᠠᠬᠤ ᠪᠠᠰᠠ ᠪᠣᠰᠤᠳ ᠬᠤᠭᠤᠴᠠᠭ᠎ᠠ
ᠬᠦᠷᠦᠭᠰᠡᠨ ᠨᠡᠬᠡᠬᠡᠬᠦ ᠲᠣᠬᠢᠷᠠᠮᠵᠢ ᠦᠭᠡᠢ ᠳᠠᠩᠰᠠ ᠡᠪᠬᠡᠮᠡᠯ ᠦᠨ ᠨᠡᠶᠢᠭᠡᠮ ᠵᠦᠭ ᠨᠡᠬᠡᠬᠡᠬᠦ ᠬᠤᠭᠤᠴᠠᠭ᠎ᠠ
ᠭᠤᠴᠢᠨ ᠵᠢᠯ ᠡᠴᠡ ᠢᠯᠡᠭᠦᠦ ᠪᠠᠶᠢᠵᠤ ᠪᠣᠯᠤᠨ᠎ᠠ᠃ ᠪᠣᠲᠠᠲᠠᠢ ᠬᠤᠭᠤᠴᠠᠭ᠎ᠠ ᠶᠢ ᠤᠯᠤᠰ ᠤᠨ ᠳᠠᠩᠰᠠ ᠡᠪᠬᠡᠮᠡᠯ ᠦᠨ
ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠡᠴᠡ ᠲᠣᠭᠲᠠᠭᠠᠵᠤ᠂ ᠲᠦᠷᠦ ᠶᠢᠨ ᠶᠠᠪᠤᠳᠠᠯ ᠤᠨ
ᠬᠣᠷᠢᠶᠠᠨ ᠳᠤ ᠮᠡᠳᠡᠭᠦᠯᠦᠨ ᠵᠦᠪᠰᠢᠶᠡᠷᠡᠭᠰᠡᠨ ᠬᠣᠶᠢᠨ᠎ᠠ
     ᠪᠡᠶᠡᠯᠡᠭᠦᠯᠦᠨ᠎ᠡ᠃ ᠳᠠᠩᠰᠠ ᠡᠪᠬᠡᠮᠡᠯ ᠦᠨ ᠭᠠᠵᠠᠷ ᠲᠣᠭᠳᠠᠭᠰᠠᠨ ᠬᠤᠭᠤᠴᠠᠭᠠᠨ ᠳᠤ ᠨᠡᠬᠡᠬᠡᠬᠦ ᠳᠠᠩᠰᠠ ᠡᠪᠬᠡᠮᠡᠯ ᠦᠨ ᠭᠠᠷᠴᠠᠭ ᠢ
ᠨᠡᠶᠢᠳᠡᠯᠡᠪᠡᠯ ᠵᠣᠬᠢᠨ᠎ᠠ᠂ ᠳᠠᠩᠰᠠ ᠡᠪᠬᠡᠮᠡᠯ ᠢ ᠠᠰᠢᠭᠯᠠᠬᠤ ᠶᠢᠨ ᠲᠦᠯᠦᠭᠡ ᠨᠦᠬᠦᠴᠡᠯ ᠢ ᠬᠤᠪᠢᠶᠠᠨ᠂
ᠭᠠᠷ ᠭᠦᠢᠴᠡᠳᠭᠡᠯ ᠢ ᠳᠦᠭᠦᠮᠴᠢᠯᠡᠵᠦ᠂ ᠳᠦᠭᠦᠮ
     ᠬᠠᠩᠭᠠᠨ᠎ᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠬᠡᠳᠦ ᠠᠷᠠᠳ ᠪᠣᠯᠤᠨ ᠵᠣᠬᠢᠶᠠᠨ ᠪᠠᠶᠢᠭᠤᠯᠤᠯᠲᠠ
ᠬᠠᠤᠯᠢ ᠳᠤ ᠨᠡᠶᠢᠴᠡᠬᠦ ᠭᠡᠷᠡᠴᠢ ᠪᠠᠷᠢᠮᠲᠠ ᠪᠠᠶᠢᠪᠠᠯ ᠨᠢᠭᠡᠨᠲᠡ ᠨᠡᠬᠡᠬᠡᠭᠰᠡᠨ ᠳᠠᠩᠰᠠ ᠡᠪᠬᠡᠮᠡᠯ ᠢ
ᠠᠰᠢᠭᠯᠠᠵᠤ
     ᠪᠣᠯᠤᠨ᠎ᠠ᠃ ᠬᠣᠷᠢᠳᠤᠭᠠᠷ ᠵᠣᠷᠪᠤᠰ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠦᠨ ᠨᠢᠭᠡᠴᠢ ᠪᠣᠯᠤᠨ
ᠪᠣᠰᠤᠳ ᠵᠣᠬᠢᠶᠠᠨ ᠪᠠᠶᠢᠭᠤᠯᠤᠯᠲᠠ ᠪᠠᠰᠠ ᠡᠷᠬᠡᠳᠦ ᠠᠷᠠᠳ ᠠᠵᠤ ᠠᠬᠤᠢ ᠶᠢᠨ ᠪᠦᠲᠦᠭᠡᠨ ᠪᠠᠶᠢᠭᠤᠯᠤᠯᠲᠠ
᠂ ᠤᠯᠤᠰ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠂ ᠵᠢᠭᠠᠨ ᠰᠤᠷᠭᠠᠬᠤ ᠡᠷᠳᠡᠮ ᠰᠢᠨᠵᠢᠯᠡᠭᠡᠨ
ᠪᠣᠯᠤᠨ ᠪᠣᠰᠤᠳ ᠡᠯ᠎ᠡ ᠲᠦᠷᠦᠯ ᠦᠨ ᠠᠵᠢᠯ ᠤᠨ ᠬᠡᠷᠡᠭᠴᠡᠭᠡ ᠶᠢ ᠦᠨᠳᠦᠰᠦᠯᠡᠵᠤ᠂ ᠬᠣᠯᠪᠤᠭᠳᠠᠯ ᠪᠦᠬᠦᠢ
ᠲᠣᠭᠲᠠᠭᠠᠯ ᠶᠣᠰᠤᠭᠠᠷ ᠳᠠᠩᠰᠠ ᠡᠪᠬᠡᠮᠡᠯ ᠦᠨ ᠭᠠᠵᠠᠷ ᠤᠨ ᠨᠡᠬᠡᠬᠡᠭᠰᠡᠨ ᠦᠭᠡᠢ ᠳᠠᠩᠰᠠ ᠡᠪᠬᠡᠮᠡᠯ ᠪᠠᠰᠠ
ᠬᠣᠯᠪᠤᠭᠳᠠᠯ ᠪᠦᠬᠦᠢ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠦᠨ ᠨᠢᠭᠡᠴᠢ ᠪᠣᠯᠤᠨ
ᠪᠣᠰᠤᠳ ᠵᠣᠬᠢᠶᠠᠨ ᠪᠠᠶᠢᠭᠤᠯᠤᠯᠲᠠ ᠶᠢᠨ ᠬᠠᠳᠠᠭᠠᠯᠠᠭᠰᠠᠨ ᠳᠠᠩᠰᠠ ᠡᠪᠬᠡᠮᠡᠯ ᠢ ᠠᠰᠢᠭᠯᠠᠵᠤ
     ᠪᠣᠯᠤᠨ᠎ᠠ᠃ ᠨᠡᠬᠡᠬᠡᠭᠰᠡᠨ ᠦᠭᠡᠢ ᠳᠠᠩᠰᠠ ᠡᠪᠬᠡᠮᠡᠯ ᠦᠨ ᠠᠰᠢᠭᠯᠠᠬᠤ ᠠᠷᠭ᠎ᠠ ᠶᠢ ᠤᠯᠤᠰ᠂ ᠳᠠᠩᠰᠠ ᠡᠪᠬᠡᠮᠡᠯ ᠦᠨ
ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠪᠣᠯᠤᠨ ᠬᠣᠯᠪᠤᠭᠳᠠᠯ ᠪᠦᠬᠦᠢ ᠭᠣᠣᠯᠯᠠᠨ
ᠬᠠᠮᠢᠶᠠᠷᠬᠤ ᠰᠠᠯᠠᠭ᠎ᠠ ᠮᠦᠴᠢᠷ ᠡᠴᠡ
     ᠲᠣᠭᠲᠠᠭᠠᠨ᠎ᠠ᠃ ᠬᠣᠷᠢᠨ ᠨᠢᠭᠡᠳᠦᠭᠡᠷ ᠵᠣᠷᠪᠤᠰ ᠳᠠᠩᠰᠠ ᠡᠪᠬᠡᠮᠡᠯ ᠦᠨ ᠭᠠᠵᠠᠷ ᠵᠦᠭ ᠰᠢᠯᠵᠢᠭᠦᠯᠦᠨ ᠲᠤᠰᠢᠶᠠᠬᠤ᠂ ᠪᠡᠯᠡᠭᠯᠡᠨ
ᠬᠦᠷᠭᠡᠬᠦ᠂ ᠳᠠᠩᠰᠠ ᠡᠪᠬᠡᠮᠡᠯ ᠬᠠᠳᠠᠭᠠᠯᠠᠭᠤᠯᠤᠭᠰᠠᠨ ᠪᠠᠶᠢᠭᠤᠯᠭ᠎ᠠ ᠪᠣᠯᠤᠨ ᠬᠤᠪᠢ ᠬᠦᠮᠦᠨ ᠳᠠᠩᠰᠠ
ᠡᠪᠬᠡᠮᠡᠯ ᠢᠶᠡᠨ ᠲᠡᠷᠢᠭᠦᠯᠡᠵᠤ ᠠᠰᠢᠭᠯᠠᠬᠤ ᠡᠷᠬᠡ ᠪᠠᠶᠢᠵᠤ᠂ ᠳᠠᠩᠰᠠ ᠡᠪᠬᠡᠮᠡᠯ ᠦᠨ ᠳᠤᠮᠳᠠ ᠲᠣᠬᠢᠷᠠᠮᠵᠢ
ᠦᠭᠡᠢ ᠨᠡᠶᠢᠭᠡᠮ ᠵᠦᠭ ᠨᠡᠬᠡᠬᠡᠭᠰᠡᠨ ᠬᠡᠰᠡᠭ ᠢ ᠠᠰᠢᠭᠯᠠᠬᠤ ᠶᠢ ᠬᠢᠵᠠᠭᠠᠷᠯᠠᠬᠤ ᠰᠠᠨᠠᠯ ᠳᠤᠷᠠᠳᠴᠦ
᠂ ᠳᠠᠩᠰᠠ ᠡᠪᠬᠡᠮᠡᠯ ᠦᠨ ᠭᠠᠵᠠᠷ ᠲᠡᠳᠡᠭᠡᠷ ᠦᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠪᠠᠯ
     ᠵᠣᠬᠢᠨ᠎ᠠ᠃ ᠬᠣᠷᠢᠨ ᠬᠣᠶᠠᠳᠤᠭᠠᠷ ᠵᠣᠷᠪᠤᠰ ᠤᠯᠤᠰ ᠳᠤ ᠬᠠᠷᠢᠶᠠᠯᠠᠭᠳᠠᠬᠤ ᠪᠦᠭᠦᠳᠡ ᠳᠠᠩᠰᠠ ᠡᠪᠬᠡᠮᠡᠯ ᠢ ᠤᠯᠤᠰ ᠠᠴᠠ
ᠡᠷᠬᠡ ᠥᠭᠭᠥᠭᠰᠡᠨ ᠳᠠᠩᠰᠠ ᠡᠪᠬᠡᠮᠡᠯ ᠦᠨ ᠭᠠᠵᠠᠷ ᠡᠰᠡᠪᠡᠯ ᠬᠣᠯᠪᠤᠭᠳᠠᠯ ᠪᠦᠬᠦᠢ ᠪᠠᠶᠢᠭᠤᠯᠭ᠎ᠠ ᠠᠴᠠ
ᠨᠡᠶᠢᠳᠡᠯᠡᠨ᠎ᠡ ︔ ᠳᠠᠩᠰᠠ ᠡᠪᠬᠡᠮᠡᠯ ᠦᠨ ᠭᠠᠵᠠᠷ ᠡᠰᠡᠪᠡᠯ ᠬᠣᠯᠪᠤᠭᠳᠠᠯ ᠪᠦᠬᠦᠢ ᠪᠠᠶᠢᠭᠤᠯᠭ᠎ᠠ ᠶᠢᠨ
ᠵᠦᠪᠰᠢᠶᠡᠷᠡᠬᠦ ᠡᠴᠡ ᠡᠮᠦᠨ᠎ᠡ ᠠᠯᠢᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠦᠮᠦᠨ ᠨᠡᠶᠢᠳᠡᠯᠡᠬᠦ
ᠡᠷᠬᠡ
     ᠦᠭᠡᠢ᠃ ᠬᠠᠮᠲᠦ ᠶᠢᠨ ᠦᠮᠴᠢᠯᠡᠬᠦ ᠪᠣᠯᠤᠨ ᠬᠤᠪᠢ ᠬᠦᠮᠦᠨ ᠦ ᠦᠮᠴᠢᠯᠡᠭᠰᠡᠨ ᠳᠠᠩᠰᠠ ᠡᠪᠬᠡᠮᠡᠯ᠂ ᠳᠠᠩᠰᠠ ᠡᠪᠬᠡᠮᠡᠯ ᠦᠨ
ᠦᠮᠴᠢᠯᠡᠭᠴᠢ ᠨᠡᠶᠢᠳᠡᠯᠡᠬᠦ ᠡᠷᠬᠡ ᠪᠣᠢ᠂ ᠭᠡᠪᠡᠴᠦ ᠡᠷᠬᠡᠪᠰᠢ ᠤᠯᠤᠰ ᠤᠨ ᠬᠣᠯᠪᠤᠭᠳᠠᠯ ᠪᠦᠬᠦᠢ ᠲᠣᠭᠲᠠᠭᠠᠯ ᠢ
ᠵᠢᠷᠦᠮᠯᠡᠨ ᠰᠠᠬᠢᠵᠤ᠂ ᠤᠯᠤᠰ ᠤᠨ ᠠᠶᠤᠯᠭᠦᠢ ᠪᠣᠯᠤᠨ ᠠᠰᠢᠭ ᠲᠤᠰᠠ ᠶᠢ ᠬᠣᠬᠢᠷᠠᠭᠤᠯᠵᠤ ᠪᠣᠯᠬᠤ ᠦᠭᠡᠢ᠂
ᠥᠭᠡᠷ᠎ᠡ ᠬᠥᠮᠥᠨ ᠦ ᠬᠠᠤᠯᠢ ᠶᠣᠰᠤᠨ ᠤ ᠡᠷᠬᠡ ᠠᠰᠢᠭ ᠲᠠᠢ ᠬᠠᠯᠳᠠᠵᠤ ᠪᠣᠯᠬᠤ
     ᠦᠭᠡᠢ᠃ ᠬᠣᠷᠢᠨ ᠭᠤᠷᠪᠠᠳᠤᠭᠠᠷ ᠵᠣᠷᠪᠤᠰ ᠡᠯ᠎ᠡ ᠱᠠᠲᠤ ᠡᠯ᠎ᠡ ᠲᠦᠷᠦᠯ ᠦᠨ ᠳᠠᠩᠰᠠ ᠡᠪᠬᠡᠮᠡᠯ ᠦᠨ ᠭᠠᠵᠠᠷ ᠰᠣᠳᠤᠯᠬᠤ
ᠠᠵᠢᠯᠲᠠᠨ ᠲᠣᠬᠢᠷᠠᠭᠤᠯᠪᠠᠯ ᠵᠣᠬᠢᠨ᠎ᠠ᠂ ᠳᠠᠩᠰᠠ ᠡᠪᠬᠡᠮᠡᠯ ᠦᠨ ᠰᠣᠳᠤᠯᠤᠨ ᠲᠡᠭᠰᠢᠯᠡᠬᠦ ᠶᠢ ᠴᠢᠩᠭᠠᠳᠭᠠᠵᠤ᠂
ᠳᠠᠩᠰᠠ ᠡᠪᠬᠡᠮᠡᠯ ᠦᠨ ᠮᠠᠲ᠋ᠧᠷᠢᠶᠠᠯ ᠢ ᠲᠦᠯᠦᠪᠯᠡᠭᠡ ᠲᠠᠢ ᠵᠣᠬᠢᠶᠠᠨ ᠪᠠᠶᠢᠭᠤᠯᠵᠤ ᠨᠠᠶᠢᠷᠠᠭᠤᠯᠤᠨ
ᠬᠡᠪᠯᠡᠵᠤ᠂ ᠣᠨᠳᠣᠣ ᠬᠦᠷᠢᠶ᠎ᠡ ᠬᠡᠪᠴᠢᠶᠠᠨ ᠳᠣᠲᠤᠷ᠎ᠠ ᠭᠠᠷᠭᠠᠨ᠎ᠠ᠃