ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠥᠨ ᠤ ᠳᠠᠩᠰᠠ ᠡᠪᠬᠡᠮᠡᠯ ᠦᠨ ᠭᠠᠵᠠᠷ  ᠳᠤ ᠬᠠᠳᠠᠭᠠᠯᠠᠭᠰᠠᠨ ᠳᠠᠩᠰᠠ ᠡᠪᠬᠡᠮᠡᠯ  ᠤᠨ ᠲᠣᠪᠴᠢ ᠲᠠᠨᠢᠯᠴᠠᠭᠤᠯᠤᠭ᠎ᠠ
ᠥᠪᠥᠷ ᠮᠣᠩᠭᠣᠯ  ᠤᠨ ᠥᠪᠡᠷᠲᠡᠭᠡᠨ ᠵᠠᠰᠠᠬᠤ ᠣᠷᠥᠨ ᠤ ᠳᠠᠩᠰᠠ ᠡᠪᠬᠡᠮᠡᠯ ᠦᠨ ᠭᠠᠵᠠᠷ  ᠳᠤ ᠬᠠᠳᠠᠭᠠᠯᠠᠭᠰᠠᠨ
ᠳᠠᠩᠰᠠ ᠡᠪᠬᠡᠮᠡᠯ 516 ᠪᠦᠷᠢᠨ ᠡᠪᠬᠡᠮᠡᠯ ᠂ 561859 ᠪᠣᠳᠢ ︵2014 ᠵᠢᠯ ᠦᠨ ᠡᠴᠦᠰ ᠪᠣᠯᠵᠤ ︶ ᠳᠠᠩᠰᠠ ᠡᠪᠬᠡᠮᠡᠯ ᠦᠨ ᠡᠬᠢᠯᠡᠵᠦ
ᠡᠴᠦᠰᠯᠡᠭᠰᠡᠨ ᠴᠠᠭ ᠪᠣᠯ 1644 ᠣᠨ ᠠᠴᠠ 2000 ᠣᠨ
     ᠪᠣᠯᠣᠨ᠎ᠠ᠃ 1. ᠳᠠᠩᠰᠠ ᠡᠪᠬᠡᠮᠡᠯ ᠦᠨ ᠢᠷᠡᠯᠲᠡ᠂ ᠣᠷᠣᠵᠤ ᠢᠷᠡᠭᠰᠡᠨ ᠬᠡᠯᠪᠡᠷᠢ᠂ ᠨᠡᠭᠦᠵᠦ ᠭᠠᠷᠬᠤ ᠪᠠ ᠤᠰᠠᠳᠭᠠᠬᠤ
     ᠪᠠᠶᠢᠳᠠᠯ ᠲᠤᠰ ᠭᠠᠵᠠᠷ ᠤᠨ ᠳᠠᠩᠰᠠ ᠡᠪᠬᠡᠮᠡᠯ ᠦᠨ ᠭᠣᠣᠯ ᠢᠷᠡᠯᠲᠡ ᠨᠢ ᠥᠪᠥᠷ ᠮᠣᠩᠭᠣᠯ  ᠤᠨ ᠥᠪᠡᠷᠲᠡᠭᠡᠨ ᠵᠠᠰᠠᠬᠤ
ᠣᠷᠥᠨ ᠤ ᠨᠠᠮ ᠵᠠᠰᠠᠭ ᠤᠨ ᠪᠠᠶᠢᠭᠤᠯᠭ᠎ᠠ ︵ ᠰᠦᠢ ᠶᠤᠸᠠᠨ ᠮᠣᠵᠢ ᠪᠠᠭᠲᠠᠨ᠎ᠠ ︶ ᠂ ᠣᠯᠠᠨ ᠲᠦᠮᠡᠨ ᠦ ᠨᠡᠶᠢᠭᠡᠮᠯᠢᠭ᠂
ᠠᠵᠤ ᠠᠬᠬᠤᠶᠢᠯᠠᠯ ᠠᠵᠢᠯ ᠦᠢᠯᠡᠰ ᠦᠨ ᠨᠢᠭᠡᠴᠡ ᠵᠢᠴᠢ ᠬᠣᠯᠪᠤᠭᠳᠠᠯ ᠪᠦᠬᠦᠢ ᠬᠤᠰᠢᠭᠤ ᠰᠢᠶᠠᠨ ᠶᠦᠮ᠃ ᠡᠭᠦᠨ ᠡᠴᠡ
ᠭᠠᠳᠠᠨ᠎ᠠ᠂ ᠪᠠᠰᠠ ᠪᠣᠰᠤᠳ ᠬᠣᠯᠪᠤᠭᠳᠠᠯ ᠪᠦᠬᠦᠢ ᠮᠣᠵᠢ ︵ ᠲᠣᠭᠣᠷᠢᠭ ︶ ᠶᠢᠨ ᠳᠠᠩᠰᠠ ᠡᠪᠬᠡᠮᠡᠯ ᠦᠨ ᠭᠠᠵᠠᠷ 
ᠵᠡᠷᠭᠡ ᠪᠠᠶᠢᠭᠤᠯᠭ᠎ᠠ ᠪᠣᠯᠤᠨ ᠬᠤᠪᠢ ᠬᠦᠮᠦᠨ ᠪᠣᠯᠣᠨ᠎ᠠ᠃ ᠣᠷᠣᠵᠤ ᠢᠷᠡᠭᠰᠡᠨ ᠬᠡᠯᠪᠡᠷᠢ  ᠶᠢᠨ ᠶᠡᠬᠡᠩᠭᠬᠢ
ᠬᠡᠰᠡᠭ ᠨᠢ ᠬᠦᠯᠢᠶᠡᠨ ᠠᠪᠬᠤ ᠬᠡᠯᠪᠡᠷᠢ᠂ ᠪᠠᠭ᠎ᠠ ᠬᠡᠮᠵᠢᠶᠡᠨ  ᠦ ᠴᠤᠭᠯᠠᠭᠤᠯᠬᠤ ᠪᠠ ᠬᠤᠪᠢ ᠬᠦᠮᠦᠨ ᠤ
ᠪᠡᠯᠡᠭᠯᠡᠨ ᠬᠦᠷᠭᠡᠭᠰᠡᠨ ᠪᠣᠯᠣᠨ᠎ᠠ᠃   ᠤᠯᠤᠰ ᠪᠠᠶᠢᠭᠤᠯᠤᠭᠳᠠᠬᠤ ᠠᠴᠠ ᠡᠮᠦᠨᠡᠬᠢ ᠳᠠᠩᠰᠠ ᠡᠪᠬᠡᠮᠡᠯ  ᠦᠨ
ᠬᠠᠳᠠᠭᠠᠯᠠᠮᠵᠢ᠂ ᠭᠡᠷ ᠪᠠᠶᠢᠭᠤᠯᠬᠤ ᠶᠢᠨ ᠬᠠᠮᠲᠦ ᠥᠪᠥᠷ ᠮᠣᠩᠭᠣᠯ  ᠤᠨ ᠨᠠᠮ ᠤᠨ ᠬᠣᠷᠢᠶ᠎ᠠ ᠶᠢᠨ ᠠᠯᠪᠠᠨ
ᠲᠢᠩᠬᠢᠮ  ᠤᠨ ᠳᠠᠩᠰᠠ ᠡᠪᠬᠡᠮᠡᠯ ᠦᠨ ᠭᠠᠵᠠᠷ ᠪᠠ ᠥᠪᠥᠷ ᠮᠣᠩᠭᠣᠯ  ᠤᠨ ᠠᠷᠠᠳ ᠤᠨ ᠵᠦᠪᠯᠡᠯ ᠠᠯᠪᠠᠨ ᠲᠢᠩᠬᠢᠮ
 ᠤᠨ ᠳᠠᠩᠰᠠ ᠡᠪᠬᠡᠮᠡᠯ  ᠦᠨ ᠬᠠᠮᠢᠶᠠᠷᠤᠯᠲᠠ  ᠶᠢᠨ ᠭᠠᠵᠠᠷ ᠬᠠᠳᠠᠭᠠᠯᠠᠵᠤ ᠪᠠᠶᠢᠭ᠎ᠠ ᠬᠤᠪᠢᠰᠭᠠᠯ ᠤᠨ
ᠲᠡᠥᠬᠡ  ᠶᠢᠨ ᠳᠠᠩᠰᠠ ᠡᠪᠬᠡᠮᠡᠯ ᠪᠠ ᠵᠡᠭᠦᠨ ᠭᠠᠵᠠᠷ ᠣᠷᠣᠨ  ᠤ ᠠᠶᠢᠮᠠᠭ ᠬᠤᠰᠢᠭᠤᠨ  ᠤ ᠳᠠᠩᠰᠠ ᠡᠪᠬᠡᠮᠡᠯ
︵ 177 ᠤᠭᠤᠲᠠ ︶ ᠬᠦᠯᠢᠶᠡᠨ ᠠᠪᠤᠪᠠ᠃1964 ᠣᠨ  ᠳᠤ ᠪᠠᠰᠠ ᠥᠪᠥᠷ ᠮᠣᠩᠭᠣᠯ  ᠤᠨ ᠪᠠᠭᠰᠢ ᠶᠢᠨ ᠳᠡᠭᠡᠳᠦ ᠰᠤᠷᠭᠠᠭᠤᠯᠢ ᠠᠴᠠ
ᠢᠷᠭᠡᠨ ᠤᠯᠤᠰ ᠤᠨ ᠦᠶ᠎ᠡ ᠶᠢᠨ ᠰᠦᠢ ᠶᠤᠸᠠᠨ ᠮᠣᠵᠢ    ᠶᠢᠨ ᠠᠷᠠᠳ ᠤᠨ ᠶᠠᠪᠤᠳᠠᠯ ᠤᠨ ᠲᠢᠩᠬᠢᠮ ᠪᠣᠯᠣᠨ
ᠪᠠᠶᠢᠴᠠᠭᠠᠭᠴᠢ ᠲᠦᠰᠢᠮᠡᠯ  ᠤᠨ ᠶᠠᠪᠦᠳᠠᠯ ᠤᠨ ᠰᠠᠶᠢᠳ᠂ ᠠᠲᠠᠷ ᠬᠠᠭᠠᠯᠪᠤᠷᠢᠯᠠᠬᠤ ᠶᠠᠪᠦᠳᠠᠯ ᠤᠨ ᠶᠡᠷᠥᠩᠬᠡᠢ
ᠲᠣᠪᠴᠢᠶ᠎ᠠ ᠵᠡᠷᠭᠡ ᠪᠠᠶᠢᠭᠤᠯᠤᠮᠵᠢ ᠶᠢᠨ ᠳᠠᠩᠰᠠ ᠡᠪᠬᠡᠮᠡᠯ ᠢ ᠬᠦᠯᠢᠶᠡᠨ ᠠᠪᠤᠪᠠ᠃